ᠠᠪᠯᠢᠭ᠎ᠠ ᠲᠠᠢ ᠲᠡᠮᠡᠴᠡᠬᠦ ᠭᠠᠵᠠᠷ ᠤᠨ ᠮᠥᠷᠳᠡᠨ ᠰᠢᠯᠭᠠᠬᠤ ᠬᠡᠯᠲᠡᠰ ᠡᠴᠡ ᠢᠷᠭᠡᠳ ᠦᠨ ᠬᠤᠪᠢ ᠶᠢᠨ ᠮᠡᠳᠡᠭᠡᠯᠡᠯ ᠢ ᠠᠰᠢᠭᠯᠠᠵᠤ ᠪᠦᠯᠦᠭᠯᠡᠨ ᠮᠥᠩᠭᠥ ᠤᠭᠢᠶᠠᠭᠰᠠᠨ ᠡᠲᠡᠭᠡᠳ ᠦᠳ ᠲᠦ ᠬᠣᠯᠪᠣᠭᠳᠠᠬᠤ ᠡᠷᠡᠭᠦᠦ ᠶᠢᠨ ᠬᠡᠷᠡᠭ ᠦᠨ ᠮᠥᠷᠳᠡᠨ ᠰᠢᠯᠭᠠᠬᠤ ᠠᠵᠢᠯᠯᠠᠭ᠎ᠠ ᠶᠢ ᠳᠠᠭᠤᠰᠬᠠᠵᠤ᠂ ᠰᠢᠭᠦᠬᠦ ᠳᠦ ᠰᠢᠯᠵᠢᠭᠦᠯᠬᠦ ᠰᠠᠨᠠᠯ ᠲᠠᠢ ᠪᠠᠷ ᠫᠷᠣᠺᠦ᠋ᠷᠣᠷ ᠲᠤ ᠬᠦᠷᠭᠡᠭᠦᠯᠪᠡ᠃ 《ᠳ∙ᠮ》᠂《ᠪ∙ᠭ》᠂《ᠭ∙ᠲ》᠂《ᠴ∙ᠴ》᠂《ᠭ∙ᠪ》ᠨᠠᠷ ᠭᠡᠮᠲᠦ ᠪᠦᠯᠦᠭ ᠪᠠᠢᠭᠤᠯᠤᠨ᠂ ᠴᠠᠬᠢᠮ ᠭᠡᠮᠲᠦ ᠬᠡᠷᠡᠭ ᠦᠢᠯᠡᠳᠴᠦ᠂ ᠤᠯᠠᠮ ᠢᠶᠠᠷ ᠮᠥᠩᠭᠥ ᠤᠭᠢᠶᠠᠭᠰᠠᠨ ᠪᠠᠢᠵᠤ ᠪᠣᠯᠵᠣᠰᠢ ᠦᠭᠡᠢ ᠬᠡᠷᠡᠭ ᠢ ᠮᠥᠷᠳᠡᠨ ᠰᠢᠯᠭᠠᠵᠤ ᠳᠠᠭᠤᠰᠬᠠᠨ ᠫᠷᠣᠺᠦ᠋ᠷᠣᠷ ᠤᠨ ᠪᠠᠢᠭᠤᠯᠤᠯᠭ᠎ᠠ ᠳᠤ ᠰᠢᠯᠵᠢᠭᠦᠯᠵᠡᠢ᠃

ᠳᠡᠭᠡᠷᠡᠬᠢ ᠡᠲᠡᠭᠡᠳ ᠦᠳ ᠨᠢ ᠠᠰᠢᠭ ᠤᠯᠬᠤ ᠵᠣᠷᠢᠯᠭ᠎ᠠ ᠪᠠᠷ ᠲᠣᠭᠲᠠᠪᠤᠷᠢᠲᠠᠢ ᠵᠣᠬᠢᠶᠠᠨ ᠪᠠᠢᠭᠤᠯᠤᠯᠲᠠ ᠲᠠᠢ ᠭᠡᠮᠲᠦ ᠪᠦᠯᠦᠭ ᠲᠦ ᠨᠢᠭᠡᠳᠴᠦ᠂ ᠴᠡᠩᠭᠡᠯᠲᠡᠢ ᠳᠡᠭᠦᠷᠭᠡ ᠶᠢᠨ ᠳᠥᠷᠪᠡᠳᠦᠭᠡᠷ ᠬᠣᠷᠢᠶᠠᠨ ᠤ ᠨᠤᠲᠤᠭ ᠳᠡᠪᠢᠰᠬᠡᠷ ᠲᠦ ᠣᠷᠣᠰᠢᠨ ᠰᠠᠭᠤᠬᠤ ᠲᠣᠳᠣᠷᠬᠠᠢ ᠬᠠᠶ᠋ᠢᠭ ᠦᠭᠡᠢ᠂ ᠣᠷᠣᠨ ᠭᠡᠷ ᠦᠭᠡᠢ᠂ ᠠᠷᠢᠬᠢᠨ ᠤ ᠬᠠᠮᠢᠶᠠᠷᠤᠯ ᠲᠠᠢ ᠢᠷᠭᠡᠳ ᠦᠨ ᠬᠤᠪᠢ ᠶᠢᠨ ᠮᠡᠳᠡᠭᠡᠯᠡᠯ ᠢ ᠬᠠᠤᠯᠢ ᠪᠤᠰᠤ ᠪᠠᠷ ᠣᠯᠵᠤ ᠠᠪᠤᠭᠰᠠᠨ ᠨᠢ ᠲᠣᠭᠲᠠᠭᠠᠭᠳᠠᠭᠰᠠᠨ ᠪᠠᠢᠨ᠎ᠠ᠃ ᠲᠡᠳᠡ ᠲᠡᠳᠡᠭᠡᠷ ᠮᠡᠳᠡᠭᠡᠯᠡᠯ ᠢ ᠠᠰᠢᠭᠯᠠᠨ ᠤᠯᠤᠰ ᠤᠨ ᠪᠦᠷᠢᠳᠬᠡᠯ ᠦᠨ ᠮᠡᠳᠡᠭᠡᠯᠡᠯ ᠦᠨ ᠰᠠᠩ ᠳᠤ ᠵᠥᠪᠰᠢᠶᠡᠷᠡᠯ ᠦᠭᠡᠢ ᠨᠡᠪᠲᠡᠷᠡᠵᠦ᠂ ᠴᠠᠬᠢᠮ ᠪᠠᠩᠬᠢᠨ ᠤ ᠦᠢᠯᠡᠴᠢᠯᠡᠭᠡᠨ ᠳᠦ ᠬᠠᠤᠯᠢ ᠪᠤᠰᠤ ᠪᠠᠷ ᠬᠠᠯᠳᠠᠨ ᠬᠣᠯᠪᠣᠭᠳᠠᠬᠤ ᠮᠡᠳᠡᠭᠡᠯᠡᠯ ᠢ ᠥᠭᠡᠷᠡᠴᠢᠯᠡᠵᠦ᠂ ᠵᠠᠰᠠᠪᠤᠷᠢᠯᠠᠭᠰᠠᠨ ᠭᠡᠬᠦ ᠬᠡᠷᠡᠭ ᠲᠦ ᠬᠣᠯᠪᠣᠭᠳᠠᠵᠠᠢ᠃ ᠮᠥᠨ ᠭᠡᠮᠲᠦ ᠬᠡᠷᠡᠭ ᠦᠨ ᠵᠠᠮ ᠢᠶᠠᠷ ᠣᠯᠤᠭᠰᠠᠨ ᠬᠥᠷᠥᠩᠭᠡ᠂ ᠣᠷᠣᠯᠭ᠎ᠠ ᠶᠢᠨ ᠬᠠᠤᠯᠢ ᠪᠤᠰᠤ ᠡᠬᠢ ᠡᠭᠦᠰᠪᠦᠷᠢ ᠶᠢ ᠨᠢᠭᠤᠨ ᠳᠠᠯᠳᠠᠯᠠᠬᠤ ᠵᠣᠷᠢᠯᠭ᠎ᠠ ᠪᠠᠷ ᠥᠪᠡᠷ ᠦᠨ ᠬᠠᠮᠢᠶᠠᠷᠤᠯ ᠪᠦᠬᠦᠢ ᠬᠦᠮᠦᠰ ᠦᠨ ᠨᠡᠷ᠎ᠡ ᠳᠡᠭᠡᠷ᠎ᠡ ᠦᠯᠦ ᠬᠥᠳᠡᠯᠬᠦ ᠪᠣᠯᠤᠨ ᠪᠤᠰᠤᠳ ᠬᠥᠷᠥᠩᠭᠡ ᠬᠤᠳᠠᠯᠳᠤᠨ ᠠᠪᠴᠤ᠂ ᠡᠳ᠋ ᠦᠨ ᠵᠠᠰᠠᠭ ᠤᠨ ᠡᠷᠭᠢᠯᠲᠡ ᠳᠦ ᠣᠷᠣᠭᠤᠯᠤᠭᠰᠠᠨ ᠪᠠᠢᠨ᠎ᠠ᠃ ᠢᠩᠭᠢᠭᠰᠡᠨ ᠢᠶᠡᠷ ᠭᠡᠮᠲᠦ ᠬᠡᠷᠡᠭ ᠦᠨ ᠣᠷᠣᠯᠭ᠎ᠠ ᠪᠠᠷ ᠪᠤᠢ ᠪᠣᠯᠤᠭᠰᠠᠨ ᠠᠰᠢᠭ᠂ ᠦᠷ᠎ᠡ ᠰᠢᠮ᠎ᠡ ᠶᠢ ᠤᠷᠲᠤ ᠬᠤᠭᠤᠴᠠᠭᠠᠨ ᠳᠤ ᠬᠦᠷᠲᠡᠵᠦ᠂ ᠮᠥᠩᠭᠥ ᠤᠬᠢᠶᠠᠬᠤ ᠭᠡᠮᠲᠦ ᠬᠡᠷᠡᠭ ᠦᠢᠯᠡᠳᠦᠭᠰᠡᠨ ᠭᠡᠵᠦ ᠦᠵᠡᠵᠦ ᠪᠠᠢᠭ᠎ᠠ ᠶᠤᠮ᠃

ᠲᠡᠭᠦᠨᠴᠢᠯᠡᠨ ᠮᠥᠷᠳᠡᠨ ᠰᠢᠯᠭᠠᠬᠤ ᠠᠵᠢᠯᠯᠠᠭᠠᠨ ᠤ ᠶᠠᠪᠤᠴᠠ ᠳᠤ ᠤᠯᠤᠰ ᠤᠨ ᠪᠦᠷᠢᠳᠬᠡᠯ ᠦᠨ ᠪᠣᠯᠤᠨ ᠴᠠᠭᠳᠠᠭ᠎ᠠ ᠶᠢᠨ ᠪᠠᠢᠭᠤᠯᠤᠯᠭ᠎ᠠ ᠶᠢᠨ ᠨᠡᠷ᠎ᠡ ᠪᠦᠬᠦᠢ ᠠᠯᠪᠠᠨ ᠲᠤᠰᠢᠶᠠᠯᠲᠠᠳ ᠢᠷᠭᠡᠳ ᠦᠨ ᠬᠤᠪᠢ ᠶᠢᠨ ᠮᠡᠳᠡᠭᠡᠯᠡᠯ᠂ ᠯᠠᠪᠯᠠᠯᠭ᠎ᠠ ᠶᠢ ᠳᠡᠭᠡᠷᠡᠬᠢ ᠡᠲᠡᠭᠡᠳ ᠦᠳ ᠲᠦ ᠬᠠᠤᠯᠢ ᠪᠤᠰᠤ ᠪᠠᠷ ᠭᠠᠷᠭᠠᠵᠤ ᠥᠭᠭᠦᠭᠰᠡᠨ᠂ ᠡᠭᠦᠨ ᠦ ᠬᠠᠷᠢᠭᠤ ᠳᠤ ᠦᠷᠭᠦᠯᠵᠢᠯᠡᠭᠰᠡᠨ ᠦᠢᠯᠡᠳᠦᠯ ᠢᠶᠡᠷ ᠬᠠᠬᠤᠤᠯᠢ ᠠᠪᠤᠭᠰᠠᠨ ᠪᠠᠢᠵᠤ ᠪᠣᠯᠵᠣᠰᠢ ᠦᠭᠡᠢ ᠨᠥᠬᠥᠴᠡᠯ ᠪᠠᠢᠳᠠᠯ ᠲᠣᠭᠲᠠᠭᠠᠭᠳᠠᠭᠰᠠᠨ ᠪᠠᠢᠨ᠎ᠠ᠃

The post ᠲᠡᠨᠦᠮᠡᠯ ᠪᠣᠯᠤᠨ ᠠᠷᠢᠬᠢᠨ ᠤ ᠬᠠᠮᠢᠶᠠᠷᠤᠯ ᠲᠠᠢ ᠢᠷᠭᠡᠳ ᠦᠨ ᠨᠡᠷ᠎ᠡ ᠳᠡᠭᠡᠷ᠎ᠡ ᠮᠥᠩᠭᠥ ᠤᠭᠢᠶᠠᠳᠠᠭ ᠰᠦᠯᠵᠢᠶ᠎ᠡ ᠶᠢ ᠢᠯᠡᠷᠡᠭᠦᠯᠵᠡᠢ appeared first on News.MN - ᠮᠡᠳᠡᠭᠡᠯᠡᠯ ᠦᠨ ᠡᠬᠢ ᠰᠤᠷᠪᠤᠯᠵᠢ.